ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠪᠠ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠦᠷᠦᠯ ᠵᠦᠢᠯ ᠢ ᠠᠬᠢᠭᠤᠯᠬᠤ | ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠩ ᠰᠠᠶᠢᠲᠤᠷ ᠥᠷᠭᠡᠳᠬᠡᠵᠦ᠂ ᠬᠡᠷᠡᠭᠯᠡᠭᠡ ᠪᠠ ᠠᠵᠢᠯ ᠣᠯᠭᠤᠯᠲᠠ ᠶᠢ | ᠳᠠᠶᠢᠴᠢᠯᠠᠬᠤ ᠬᠡᠷᠡᠭᠲᠡᠢ ᠭᠡᠵᠡᠢ᠃ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠨᠢᠭᠡᠴᠢ ᠶᠢᠨ ᠰᠦᠢᠳᠬᠡᠯ | ᠲᠤᠰᠢᠶᠠᠬᠤ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ ᠬᠦᠴᠢᠷᠳᠡᠯ ᠢ ᠨᠠᠮᠳᠠᠭᠤᠯᠬᠤ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ | ᠬᠦᠴᠦᠯᠡᠨ ᠳᠡᠮᠵᠢᠬᠦ ᠪᠠᠷ ᠲᠣᠭᠲᠠᠭᠠᠪᠠ᠃ | ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ | ᠂ ᠬᠤᠶᠢᠰᠢᠯᠠᠭᠤᠯᠤᠨ ᠲᠤᠰᠢᠶᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠪᠠᠶᠢᠷᠢᠯᠠᠭᠤᠯᠬᠤ ᠪᠠᠷ ᠲᠣᠭᠲᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠪᠠ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠦᠷᠦᠯ ᠵᠦᠢᠯ ᠢ ᠠᠬᠢᠭᠤᠯᠬᠤ ᠠᠷᠭ᠎ᠠ | ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠩ ᠰᠠᠶᠢᠲᠤᠷ ᠥᠷᠭᠡᠳᠬᠡᠵᠦ᠂ ᠬᠡᠷᠡᠭᠯᠡᠭᠡ ᠪᠠ ᠠᠵᠢᠯ ᠣᠯᠭᠤᠯᠲᠠ ᠶᠢ ᠳᠠᠶᠢᠴᠢᠯᠠᠬᠤ | ᠬᠡᠷᠡᠭᠲᠡᠢ ᠭᠡᠵᠡᠢ︔ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠨᠢᠭᠡᠴᠢ ᠶᠢᠨ | ᠲᠤᠰᠢᠶᠠᠬᠤ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ ᠬᠦᠴᠢᠷᠳᠡᠯ ᠢ ᠨᠠᠮᠳᠠᠭᠤᠯᠬᠤ ᠪᠠ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ᠬᠦᠴᠦᠯᠡᠨ ᠳᠡᠮᠵᠢᠬᠦ ᠪᠠᠷ ᠲᠣᠭᠲᠠᠪᠠ︔ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ | ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠶᠢᠰᠢᠯᠠᠭᠤᠯᠤᠨ ᠲᠤᠰᠢᠶᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ | ᠰᠦᠢᠳᠬᠡᠯ ᠬᠤᠷᠢᠶᠠᠯᠲᠠ ᠶᠢ ᠪᠠᠶᠢᠷᠢᠯᠠᠭᠤᠯᠬᠤ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠶᠡᠷᠦᠩᠬᠡᠢ ᠰᠡᠳᠬᠢᠮᠵᠢ᠂ ᠲᠦᠷᠦ ᠶᠢᠨ | ᠪᠣᠳᠣᠯᠭ᠎ᠠ ᠶᠢᠨ ᠬᠠᠨᠳᠤᠰᠢ ᠶᠣᠰᠣᠭᠠᠷ᠂ ᠣᠳᠣᠬᠠᠨ ᠤ ᠲᠣᠭᠲᠠᠭᠤᠨ ᠢᠶᠠᠷ ᠨᠡᠮᠡᠭᠳᠡᠭᠦᠯᠬᠦ ᠳᠤ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠨ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠠ ᠳᠣᠬᠢᠶᠠᠯ ᠢ ᠡᠵᠡᠮᠳᠡᠵᠦ᠂ ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠢ ᠴᠢᠬᠤᠯᠠᠴᠢᠯᠠᠵᠤ | ᠂ ᠡᠷᠴᠢᠮ ᠢᠶᠠᠨ ᠡᠷᠡᠰ ᠰᠢᠭᠤᠷᠬᠠᠢ ᠪᠠᠷ ᠴᠢᠩᠭᠠᠷᠠᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠭᠠᠷᠭᠠᠬᠤ ᠶᠣᠰᠣᠲᠠᠢ ᠶᠢ ᠨᠢ | ᠪᠦᠬᠦᠨ ᠢ ᠭᠠᠷᠭᠠᠬᠤ ᠮᠥᠷᠲᠡᠭᠡᠨ ᠵᠣᠭᠤᠰ ᠢ ᠬᠡᠲᠦᠷᠡᠲᠡᠯ᠎ᠡ ᠲᠠᠷᠬᠠᠭᠠᠬᠤ ᠦᠭᠡᠢ᠂ ᠢᠷᠡᠭᠡᠳᠦᠢ ᠳᠤ ᠬᠡᠲᠦᠷᠡᠲᠡᠯ᠎ᠡ ᠵᠠᠷᠤᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠵᠢᠯ ᠣᠯᠭᠤᠯᠲᠠ ᠶᠢ ᠪᠠᠲᠤᠯᠠᠵᠤ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠬᠦᠴᠦᠯᠡᠨ ᠪᠠᠲᠤᠯᠠᠵᠤ᠂ ᠬᠤᠷᠸ᠎ᠠ ᠠᠵᠤ ᠠᠬᠤᠢ ᠶᠢᠨ | ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠳᠤ᠂ ᠳᠤᠲᠠᠭᠤᠳᠠᠯ ᠢ ᠨᠥᠬᠦᠪᠦᠷᠢᠯᠡᠨ ᠪᠦᠲᠦᠴᠡ ᠳᠤ | ᠲᠣᠬᠢᠷᠠᠭᠤᠯᠤᠯᠲᠠ ᠬᠢᠵᠦ ᠴᠢᠳᠠᠬᠤ ᠮᠥᠷᠲᠡᠭᠡᠨ ᠬᠡᠷᠡᠭᠯᠡᠭᠡ ᠳᠤ ᠵᠣᠬᠢᠴᠠᠭᠤᠯᠤᠨ ᠠᠵᠢᠯ ᠣᠯᠭᠤᠯᠲᠠ ᠶᠢ ᠥᠷᠭᠡᠳᠬᠡᠵᠦ ᠴᠢᠳᠠᠬᠤ ᠨᠢᠭᠡ ᠯᠡ ᠤᠳᠠᠭ᠎ᠠ ᠳᠤ ᠤᠯᠠᠨ | ᠶᠠᠪᠤᠳᠠᠯ ᠢ ᠪᠦᠲᠦᠭᠡᠬᠦ ᠲᠦᠷᠦᠯ ᠵᠦᠢᠯ ᠢ ᠡᠬᠢᠯᠡᠭᠦᠯᠬᠦ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠠᠷᠠᠳ ᠤᠨ | ᠳᠤᠮᠳᠠᠬᠢ ᠪᠡᠯᠡ ᠣᠷᠣᠭᠤᠯᠤᠯᠲᠠ ᠨᠢ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠭ᠎ᠠ ᠪᠣᠯᠬᠤᠷ ︽ᠬᠤᠶᠠᠷ | ᠥᠴᠥᠬᠡᠨ ᠴᠦ ᠭᠤᠶᠢᠪᠢᠯᠵᠠᠭᠤᠯᠬᠤ ᠦᠭᠡᠢ︾ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠠᠷᠭ᠎ᠠ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠢᠭᠡ ᠳᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 102 ᠵᠦᠢᠯ ᠤᠨ ᠴᠢᠬᠤᠯᠠ ᠶᠡᠭᠡ ᠢᠨᠵᠧᠨᠧᠷᠢᠩ ᠪᠠ ᠤᠯᠤᠰ ᠠᠴᠠ | ᠲᠣᠳᠣᠷᠬᠠᠢ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠨᠢᠭᠡ ᠪᠦᠯᠦᠭ ᠵᠢᠱᠢᠶ᠎ᠡ ᠦᠵᠡᠭᠦᠯᠬᠦ ᠲᠥᠷᠥᠯ ᠵᠦᠢᠯ ᠢ ᠰᠣᠩᠭᠤᠵᠤ | ᠠᠷᠠᠳ ᠤᠨ ᠬᠥᠷᠥᠩᠭᠡ ᠶᠢ ᠲᠠᠳᠠᠨ ᠣᠷᠣᠭᠤᠯᠤᠨ᠎ᠠ᠃ ᠨᠢᠭᠡᠨᠲᠡ ᠲᠣᠭᠲᠠᠭᠠᠭᠰᠠᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠲᠥᠷᠥᠯ ᠵᠦᠢᠯ ᠢ | ᠲᠦᠷᠭᠡᠪᠴᠢᠯᠡᠨ ᠠᠬᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠠᠷᠠᠳ ᠤᠨ ᠳᠤᠮᠳᠠᠬᠢ ᠪᠡᠯᠡ ᠣᠷᠣᠭᠤᠯᠤᠯᠲᠠ ᠳᠤ ᠨᠢᠭᠡ ᠯᠡ | ᠠᠳᠠᠯᠢ ᠪᠠᠷ ᠬᠠᠨᠳᠤᠬᠤ ᠪᠥᠭᠡᠳ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠥᠷᠭᠡᠳᠬᠡᠨ ᠭᠠᠷᠭᠠᠨ᠎ᠠ᠃ ᠬᠤᠶᠠᠷ ᠲᠤ᠂ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠭᠠᠷᠳᠠᠮ ᠢ | ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠮᠣ ᠲᠥᠷᠥᠯ ᠵᠦᠢᠯ ᠢ ᠣᠷᠣᠨ ᠨᠤᠲᠤᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠳᠤ | ᠣᠷᠣᠭᠤᠯᠬᠤ ᠶᠢᠨ ᠬᠠᠮᠲᠤ ᠭᠠᠵᠠᠷ ᠬᠡᠷᠡᠭᠯᠡᠬᠦ ᠵᠡᠷᠭᠡ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠴᠢᠩᠭ᠎ᠠ ᠭᠦᠢᠴᠡᠳᠬᠡᠬᠦ ᠬᠡᠷᠡᠭᠲᠡᠢ᠃ | ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠠᠷᠠᠳ ᠤᠨ ᠳᠤᠮᠳᠠᠬᠢ ᠬᠥᠷᠥᠩᠭᠡ ᠶᠢᠨ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢ ᠬᠥᠭᠵᠢᠭᠦᠯᠬᠦ ᠶᠢ ᠳᠡᠮᠵᠢᠬᠦ ᠬᠡᠷᠡᠭᠲᠡᠢ᠃ ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠦᠷᠭᠦᠯᠵᠢᠯᠡᠨ ᠵᠢᠭᠡᠯᠡᠯᠭᠡ ᠲᠠᠯᠪᠢᠬᠤ᠂ | ᠬᠤᠭᠤᠴᠠᠭ᠎ᠠ ᠶᠢ ᠤᠷᠲᠤᠳᠬᠠᠬᠤ ᠵᠡᠷᠭᠡ ᠪᠠᠷ ᠳᠠᠮᠵᠢᠨ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠶᠢ ᠵᠣᠷᠢᠭᠵᠢᠭᠤᠯᠬᠤ ᠬᠡᠷᠡᠭᠲᠡᠢ᠃ ᠨᠥᠬᠦᠴᠡᠯ ᠳᠤ | ᠨᠡᠶᠢᠴᠡᠬᠦ ᠲᠥᠷᠥᠯ ᠵᠦᠢᠯ ᠳᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠬᠤ ᠬᠡᠷᠡᠭᠲᠡᠢ᠃ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠳᠤ ᠬᠠᠨᠳᠤᠭᠤᠯᠤᠭᠰᠠᠨ ᠦᠯᠦ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦᠨ ᠤ | ᠲᠥᠷᠥᠯ ᠵᠦᠢᠯ ᠢ ᠴᠠᠭ ᠢ ᠠᠮᠵᠢᠨ ᠬᠡᠷᠡᠭᠵᠢᠭᠦᠯᠬᠦ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷ | ᠠᠪᠴᠠᠭᠠᠨ ᠤ ᠡᠷᠬᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠳᠡᠮᠵᠢᠬᠦ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠭᠠᠵᠠᠷ ᠳᠣᠣᠷᠠᠬᠢ | ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠪᠣᠯ ᠬᠤᠳᠠ ᠶᠢᠨ ︽ᠳᠣᠲᠣᠷ︾ ᠢᠨᠵᠧᠨᠧᠷᠢᠩ ᠪᠠᠶᠢᠵᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠶᠡᠭᠡ᠂ | ᠳᠠᠶᠢᠴᠢᠯᠠᠬᠤ ᠴᠢᠳᠠᠪᠤᠷᠢ ᠴᠢᠩᠭ᠎ᠠ᠂ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠥᠯᠥᠭᠡᠯᠡᠬᠦ ᠴᠢᠨᠠᠷᠲᠠᠢ ᠲᠦᠷᠦᠯ ᠵᠦᠢᠯ ᠪᠣᠯᠣᠨ᠎ᠠ᠃ ᠨᠢᠭᠡᠨᠲᠡ | ᠪᠠᠶᠢᠷᠢᠯᠠᠭᠤᠯᠤᠭᠰᠠᠨ ᠬᠤᠳᠠ ᠶᠢᠨ ᠬᠠᠭᠤᠴᠢᠷᠠᠭᠰᠠᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠭᠠᠵᠠᠷ ᠳᠣᠣᠷᠠᠬᠢ ᠶᠡᠷᠦᠩᠬᠡᠶᠢᠯᠡᠭᠰᠡᠨ | ᠬᠤᠭᠤᠯᠠᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠲᠦᠷᠦ ᠶᠢᠨ ᠪᠣᠳᠣᠯᠭ᠎ᠠ ᠶᠢᠨ | ᠳᠡᠮᠵᠢᠯᠭᠡ ᠶᠢ ᠨᠡᠮᠡᠭᠳᠡᠭᠦᠯᠵᠦ᠂ ᠰᠦᠢᠳᠬᠡᠯ ᠬᠤᠷᠢᠶᠠᠵᠤ ᠬᠠᠷᠢᠭᠤ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠲᠠᠳᠠᠨ ᠣᠷᠣᠭᠤᠯᠤᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠳᠣ ᠬᠤᠭᠤᠴᠠᠭᠠᠨ ᠤ ᠵᠢᠭᠡᠯᠡᠯᠭᠡ ᠲᠠᠯᠪᠢᠬᠤ ᠶᠢ ᠬᠥᠲᠥᠯᠥᠨ ᠵᠢᠯᠤᠭᠤᠳᠴᠤ᠂ ᠲᠥᠷᠥᠯ ᠵᠦᠢᠯ ᠤᠨ ᠭᠤᠣᠯ | ᠴᠣᠭᠴᠠ ᠳᠤ ᠢᠲᠡᠭᠡᠮᠵᠢᠲᠦ ᠵᠢᠭᠡᠯᠡᠯᠭᠡ ᠲᠠᠷᠬᠠᠭᠠᠬᠤ ᠳᠤ ᠵᠠᠬ᠎ᠠ ᠳᠡᠯᠭᠡᠭᠦᠷᠴᠢᠯᠡᠨ ᠢᠲᠡᠭᠡᠮᠵᠢ ᠨᠡᠮᠡᠭᠳᠡᠭᠦᠯᠬᠦ ᠳᠡᠮᠵᠢᠯᠭᠡ ᠦᠵᠡᠭᠦᠯᠦᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ 1.5 ᠳ᠋ᠦᠩᠰᠢᠭᠤᠷ ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠪᠠᠯ ᠳᠠᠷᠤᠢ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠢ ᠪᠠᠲᠤᠯᠠᠵᠤ ᠴᠢᠳᠠᠨ᠎ᠠ᠃ ᠠᠵᠤ ᠠᠬᠤᠶᠢᠯᠠᠯ ᠤᠨ ᠬᠦᠴᠢᠷᠳᠡᠯ ᠢ ᠤᠯᠠᠮ | ᠨᠢᠭᠡ ᠠᠯᠬᠤᠮ ᠰᠢᠢᠳᠪᠦᠷᠢᠯᠡᠬᠦ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠳᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠪᠠᠶᠢᠭᠤᠯᠭ᠎ᠠ ᠨᠢᠭᠡᠴᠢ ᠠᠴᠠ ᠲᠤᠰᠢᠶᠠᠬᠤ ᠬᠡᠰᠡᠭ ᠢ 3 ᠰᠠᠷ᠎ᠠ | ᠬᠤᠶᠢᠰᠢᠯᠠᠭᠤᠯᠬᠤ ᠶᠢ ᠵᠥᠪᠰᠢᠶᠡᠷᠡᠵᠦ᠂ ᠬᠡᠪᠴᠢᠶ᠎ᠡ ᠨᠢ ᠪᠠᠷᠤᠭ 1500 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠳᠤ ᠪᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠭᠡᠵᠦ᠂ ᠭᠤᠶᠤᠴᠢᠯᠠᠯ ᠠᠴᠠ ᠭᠡᠯᠲᠦᠷᠢᠭᠦᠯᠦᠨ ᠳᠠᠷᠤᠢ ᠳᠤ ᠨᠢ ᠬᠦᠷᠲᠡᠭᠡᠬᠦ | ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠨᠢ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠨᠥᠯᠥᠭᠡᠯᠡᠬᠦ ᠦᠭᠡᠢ᠂ ᠲᠠᠩᠰᠠ ᠲᠠᠶᠢᠯᠬᠤ ᠬᠠᠷᠢᠴᠠᠯ ᠪᠠ ᠡᠮ ᠤᠨ | ᠵᠦᠢᠯ ᠤᠨ ᠲᠥᠷᠥᠯ ᠵᠦᠢᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠲᠠᠶᠢᠯᠬᠤ ᠶᠣᠰᠣᠲᠠᠢ ᠶᠢ ᠨᠢ ᠪᠦᠬᠦᠨ ᠢ ᠲᠠᠶᠢᠯᠬᠤ ᠶᠢ ᠦᠨᠡᠨ ᠬᠦ ᠪᠠᠲᠤᠯᠠᠨ᠎ᠠ ᠭᠡᠵᠡᠢ᠃ | ᠬᠤᠷᠠᠯ ᠠᠴᠠ ᠲᠣᠭᠲᠠᠭᠠᠬᠤ ᠳᠤ ᠪᠠᠨ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ᠂ ᠤᠰᠤ ᠴᠠᠬᠢᠯᠭᠠᠨ ᠬᠡᠢ ᠳᠤᠯᠠᠭᠠᠯᠭ᠎ᠠ᠂ ᠮᠥᠩᠭᠦᠨ ᠭᠦᠢᠯᠭᠡᠭᠡ᠂ | ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠪᠣᠯᠣᠨ ᠵᠠᠭᠤᠴᠢ ᠪᠠᠶᠢᠭᠤᠯᠤᠮᠵᠢ ᠵᠡᠷᠭᠡ | ᠬᠦᠷᠢᠶ᠎ᠡ ᠪᠠᠷ ᠭᠤᠣᠯᠳᠠᠯᠭ᠎ᠠ ᠪᠣᠯᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ 7 ︱ 9 ᠳ᠋ᠦ᠋ᠭᠡᠷ ᠰᠠᠷ᠎ᠠ ᠳᠤ ᠥᠪᠡᠷ ᠢ ᠪᠠᠨ ᠪᠠᠶᠢᠴᠠᠭᠠᠨ | ᠥᠪᠡᠷ ᠢ ᠪᠠᠨ ᠵᠠᠯᠠᠷᠠᠭᠤᠯᠵᠤ᠂ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠡᠷ᠎ᠡ ᠪᠠᠷ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠂ ᠵᠠᠷᠯᠢᠭᠳᠠᠨ ᠬᠦᠴᠦᠨ ᠦᠭᠡᠢ ᠪᠣᠯᠭᠠᠭᠰᠠᠨ ᠰᠦᠢᠳᠬᠡᠯ ᠢ | ᠬᠤᠷᠢᠶᠠᠭᠰᠠᠨ᠂ ᠠᠯᠪᠠᠳᠠᠯᠭ᠎ᠠ ᠪᠠᠷ ᠬᠤᠯᠪᠣᠭᠳᠠᠭᠤᠯᠵᠤ ᠳᠠᠭᠠᠯᠳᠤᠭᠤᠯᠤᠨ ᠬᠤᠳᠠᠯᠳᠤᠭᠰᠠᠨ᠂ ᠳᠤᠷ᠎ᠠ ᠪᠠᠷ ᠪᠠᠶᠢᠴᠠᠭᠠᠵᠤ ᠳᠤᠷ᠎ᠠ ᠪᠠᠷ ᠵᠣᠭᠤᠰ ᠢᠶᠠᠷ ᠲᠣᠷᠭᠠᠭᠰᠠᠨ | ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠳᠤ ᠪᠠᠨ ᠴᠠᠭ ᠲᠤᠬᠠᠢ ᠳᠤ ᠨᠢ | ᠬᠤᠯᠪᠣᠭᠠᠯᠠᠨ ᠪᠠᠶᠢᠴᠠᠭᠠᠬᠤ ᠶᠢ ᠥᠷᠨᠢᠭᠦᠯᠵᠦ᠂ ᠨᠡᠶᠢᠲᠡᠯᠢᠭ ᠠᠰᠠᠭᠤᠳᠠᠯ ᠢ ᠴᠢᠩᠭ᠎ᠠ ᠰᠢᠢᠳᠪᠦᠷᠢᠯᠡᠬᠦ ᠶᠢᠨ ᠬᠠᠮᠲᠤ ᠢᠯᠡᠴᠢᠯᠡᠵᠦ᠂ ᠥᠭᠡᠷᠡᠴᠢᠯᠡᠯᠲᠡ ᠶᠢᠨ ᠠᠷᠭ᠎ᠠ ᠪᠠᠷ | ᠣᠷᠳᠣ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠳ | ᠪᠥᠬᠦ ᠲᠠᠯ᠎ᠠ ᠶᠢᠨ ᠤᠬᠠᠮᠰᠠᠷ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠦᠵᠡᠯᠲᠡ ᠲᠠᠢ ᠪᠠᠶᠢᠵᠤ᠂ ᠲᠣᠰ ᠬᠦᠷᠢᠶᠡᠨ ᠳᠠᠬᠢ ᠠᠵᠤ ᠠᠬᠤᠶᠢᠯᠠᠯ᠂ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠪᠠ ᠪᠠᠲᠤᠯᠠᠭ᠎ᠠ ᠶᠢᠨ ᠮᠥᠩᠭᠦ ᠶᠢ | ᠰᠢᠰᠲ᠋ᠧᠮ ᠲᠠᠢ ᠡᠮᠬᠢᠯᠡᠨ ᠳᠢᠭᠯᠡᠵᠦ᠂ ᠵᠠᠷᠴᠢᠮ ᠳᠡᠭᠡᠷ᠎ᠡ ᠪᠠᠨ ᠨᠢᠭᠡ ᠤᠯᠠᠷᠢᠯ ᠬᠤᠶᠢᠰᠢᠯᠠᠭᠤᠯᠤᠨ ᠲᠤᠰᠢᠶᠠᠵᠤ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ | ᠮᠥᠩᠭᠦ ᠬᠤᠷᠢᠶᠠᠬᠤ ᠦᠭᠡᠢ ᠪᠠᠶᠢᠬᠤ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠪᠠ ᠨᠡᠶᠢᠲᠡᠯᠡᠬᠦ ᠶᠢᠨ ᠬᠠᠮᠲᠤ ᠴᠠᠭ | ᠲᠤᠬᠠᠢ ᠳᠤ ᠨᠢ ᠲᠣᠬᠢᠷᠠᠭᠤᠯᠤᠯᠲᠠ ᠬᠢᠵᠦ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | |